1 2 3 4 5 6 7 8 9 10 11 12 13 14 15 16 17 18 19 20 21 22 23 24 25


ᠬᠠᠭᠠᠳ ᠤᠨ ᠳᠡᠳ᠋ ᠠᠷᠪᠠᠨ ᠲᠠᠪᠤ
 ᠶᠦᠳᠠ ᠶᠢᠨ ᠬᠠᠭᠠᠨ ᠠᠽᠠᠷᠢᠶ᠎ᠠ

1 ᠢᠰᠷᠧᠯ ᠤᠨ ᠬᠠᠭᠠᠨ ᠶᠧᠷᠣᠪᠣᠶᠠᠮ ᠤᠨ ᠬᠣᠷᠢᠨ ᠳᠣᠯᠣᠳᠤᠭᠠᠷ ᠣᠨ ᠳᠤ᠂ ᠶᠦᠳᠠ ᠶᠢᠨ ᠬᠠᠭᠠᠨ ᠠᠮᠠᠽᠢᠶ᠎ᠠ ᠶᠢᠨ ᠬᠦᠦ ᠠᠽᠠᠷᠢᠶ᠎ᠠ ᠬᠠᠭᠠᠨ ᠪᠣᠯᠵᠠᠢ᠃ 2 ᠲᠡᠷᠡ ᠠᠷᠪᠠᠨ ᠵᠢᠷᠭᠤᠭᠠᠨ ᠨᠠᠰᠤᠲᠠᠢ ᠳᠠᠭᠠᠨ ᠬᠠᠭᠠᠨ ᠪᠣᠯᠣᠭᠠᠳ ᠶᠧᠷᠦ᠋ᠰᠠᠯᠧᠮ ᠳᠤ ᠲᠠᠪᠢᠨ ᠬᠣᠶᠠᠷ ᠵᠢᠯ ᠬᠠᠭᠠᠨᠴᠢᠯᠠᠪᠠ᠃ ᠡᠬᠡ ᠨᠢ ᠶᠧᠺᠣᠯᠢᠶ᠎ᠠ ᠭᠡᠳᠡᠭ ᠶᠧᠷᠦ᠋ᠰᠠᠯᠧᠮ ᠬᠥᠮᠦᠨ ᠪᠠᠢᠪᠠ᠃ 3 ᠠᠽᠠᠷᠢᠶ᠎ᠠ ᠡᠴᠢᠭᠡ ᠠᠮᠠᠽᠢᠶ᠎ᠠ ᠶᠢᠨ ᠢᠶᠠᠨ ᠬᠢᠭᠰᠡᠨ ᠪᠦᠭᠦᠳᠡ ᠶᠢ ᠳᠠᠭᠤᠷᠢᠶᠠᠨ ᠶᠣᠬᠣᠸᠠ ᠶᠢᠨ ᠮᠡᠯᠮᠡᠢ ᠳᠦ ᠵᠥᠪ ᠢ ᠦᠢᠯᠡᠳᠦᠭᠰᠡᠨ ᠪᠣᠯᠪᠠᠴᠤ 4 ᠮᠥᠷᠭᠥᠯ ᠦᠨ ᠮᠠᠨᠳᠠᠯ ᠤᠳ ᠢ ᠵᠠᠢᠯᠠᠭᠤᠯᠤᠭᠰᠠᠨ ᠦᠭᠡᠢ᠃ ᠠᠷᠠᠳ ᠲᠦᠮᠡᠨ ᠮᠥᠷᠭᠥᠯ ᠦᠨ ᠮᠠᠨᠳᠠᠯ ᠤᠳ ᠳᠡᠭᠡᠷ᠎ᠡ ᠲᠠᠬᠢᠯ ᠡᠷᠭᠦᠵᠦ᠂ ᠤᠲᠤᠯᠭ᠎ᠠ ᠤᠭᠤᠭᠢᠭᠤᠯᠤᠭᠰᠠᠭᠠᠷ ᠪᠠᠢᠪᠠ᠃ 5 ᠶᠣᠬᠣᠸᠠ ᠬᠠᠭᠠᠨ ᠢ ᠴᠣᠬᠢᠭᠰᠠᠨ ᠲᠤᠯᠠ ᠲᠡᠷᠡ ᠪᠡᠷ ᠨᠠᠰᠤ ᠪᠠᠷᠠᠬᠤ ᠡᠳᠦᠷ ᠢᠶᠡᠨ ᠬᠦᠷᠲᠡᠯ᠎ᠡ ᠤᠶᠠᠮᠠᠨ ᠡᠪᠡᠳᠴᠢᠨ ᠲᠡᠢ ᠪᠣᠯᠵᠤ ᠲᠤᠰᠠᠭᠠᠷᠯᠠᠭᠳᠠᠭᠰᠠᠨ ᠥᠷᠭᠥᠭᠡᠨ ᠳᠦ ᠰᠠᠭᠤᠵᠠᠢ᠃ ᠬᠠᠭᠠᠨ ᠤ ᠬᠦᠦ ᠶᠣᠲ᠋ᠠᠮ ᠬᠠᠭᠠᠨ ᠤ ᠣᠷᠳᠣᠨ ᠤ ᠬᠢᠨ ᠢᠶᠠᠨ ᠲᠣᠯᠣᠭᠠᠢᠯᠠᠨ ᠭᠠᠵᠠᠷ ᠤᠨ ᠠᠷᠠᠳ ᠲᠦᠮᠡᠨ ᠢᠶᠡᠨ ᠵᠠᠬᠢᠷᠴᠠᠢ᠃ 6 ᠠᠽᠠᠷᠢᠶ᠎ᠠ ᠶᠢᠨ ᠪᠤᠰᠤᠳ ᠶᠠᠪᠤᠳᠠᠯ ᠪᠣᠯᠣᠨ ᠲᠡᠭᠦᠨ ᠦ ᠬᠢᠭᠰᠡᠨ ᠪᠦᠬᠦᠨ ᠶᠦᠳᠠ ᠶᠢᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠢᠰᠢ ᠤᠤ︖ 7 ᠠᠽᠠᠷᠢᠶ᠎ᠠ ᠡᠴᠢᠭᠡ ᠡᠪᠦᠭᠡᠳ ᠦᠨ ᠢᠶᠠᠨ ᠬᠠᠮᠲᠤ ᠨᠣᠢᠷᠰᠣᠭᠰᠠᠨ ᠳᠤ᠂ ᠬᠥᠮᠦᠰ ᠲᠡᠭᠦᠨ ᠢ ᠡᠴᠢᠭᠡ ᠡᠪᠦᠭᠡᠳ ᠦᠨ ᠬᠢᠨᠢ ᠳᠡᠷᠭᠡᠳᠡ ᠳ᠋ᠠᠸᠢᠳ᠋ ᠤᠨ ᠬᠣᠲᠠ ᠳᠤ ᠣᠷᠣᠰᠢᠭᠤᠯᠪᠠ᠃ ᠲᠡᠭᠦᠨ ᠦ ᠬᠦᠦ ᠶᠣᠲ᠋ᠠᠮ ᠲᠡᠭᠦᠨ ᠢ ᠵᠠᠯᠭᠠᠮᠵᠢᠯᠠᠨ ᠬᠠᠭᠠᠨ ᠪᠣᠯᠣᠭᠰᠠᠨ ᠪᠠᠢᠨ᠎ᠠ᠃
 ᠢᠰᠷᠧᠯ ᠤᠨ ᠲᠠᠪᠤᠨ ᠬᠠᠭᠠᠨ

8 ᠶᠦᠳᠠ ᠶᠢᠨ ᠬᠠᠭᠠᠨ ᠠᠽᠠᠷᠢᠶ᠎ᠠ ᠶᠢᠨ ᠭᠤᠴᠢᠨ ᠨᠠᠢ᠌ᠮᠠᠳᠤᠭᠠᠷ ᠣᠨ ᠳᠤ᠂ ᠶᠧᠷᠣᠪᠣᠶᠠᠮ ᠤᠨ ᠬᠦᠦ ᠽᠧᠺᠠᠷᠢᠶ᠎ᠠ ᠰᠠᠮᠠᠷᠢᠶ᠎ᠠ ᠳᠤ ᠢᠰᠷᠧᠯ ᠤᠨ ᠬᠠᠭᠠᠨ ᠪᠣᠯᠵᠤ ᠵᠢᠷᠭᠤᠭᠠᠨ ᠰᠠᠷ᠎ᠠ ᠵᠠᠬᠢᠷᠪᠠ᠃ 9 ᠲᠡᠷᠡ ᠡᠴᠢᠭᠡ ᠡᠪᠦᠭᠡᠳ ᠦᠨ ᠢᠶᠠᠨ ᠦᠢᠯᠡᠳᠦᠭᠰᠡᠨ ᠦ ᠠᠳᠠᠯᠢ ᠶᠣᠬᠣᠸᠠ ᠶᠢᠨ ᠮᠡᠯᠮᠡᠢ ᠳᠦ ᠪᠤᠵᠠᠷ ᠮᠠᠭᠤ ᠶᠢ ᠦᠢᠯᠡᠳᠦᠨ᠂ ᠢᠰᠷᠧᠯ ᠢᠶᠠᠷ ᠨᠢᠭᠦᠯ ᠦᠢᠯᠡᠳᠦᠭᠦᠯᠦᠭᠰᠡᠨ ᠨᠧᠪᠠᠲ ᠤᠨ ᠬᠦᠦ ᠶᠧᠷᠣᠪᠣᠶᠠᠮ ᠤᠨ ᠨᠢᠭᠦᠯ ᠡᠴᠡ ᠰᠠᠯᠤᠭᠰᠠᠨ ᠦᠭᠡᠢ᠃ 10 ᠶᠠᠪᠧᠱ ᠤᠨ ᠬᠦᠦ ᠱᠠᠯᠦ᠋ᠮ ᠲᠡᠭᠦᠨ ᠦ ᠡᠰᠡᠷᠭᠦ ᠬᠤᠤᠪᠢᠯᠳᠤᠵᠤ᠂ ᠣᠯᠠᠨ ᠤ ᠡᠮᠦᠨ᠎ᠡ ᠲᠡᠭᠦᠨ ᠢ ᠴᠣᠬᠢᠨ ᠠᠯᠠᠵᠤ᠂ ᠣᠷᠣᠨ ᠳᠤᠨᠢ ᠬᠠᠭᠠᠨ ᠪᠣᠯᠪᠠ᠃ 11 ᠽᠧᠺᠠᠷᠢᠶ᠎ᠠ ᠶᠢᠨ ᠪᠤᠰᠤᠳ ᠶᠠᠪᠤᠳᠠᠯ ᠢᠰᠷᠧᠯ ᠤᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠠᠢᠳᠠᠭ᠃ 12 ᠲᠡᠢᠨ ᠬᠦ᠄ 《ᠴᠢᠨᠦ ᠦᠷ᠎ᠡ ᠤᠳᠤᠮ ᠳᠥᠷᠪᠡᠳᠡᠬᠢ ᠦᠶ᠎ᠡ ᠬᠦᠷᠲᠡᠯ᠎ᠡ ᠪᠡᠨ ᠢᠰᠷᠧᠯ ᠤᠨ ᠬᠠᠭᠠᠨ ᠰᠢᠷᠡᠭᠡᠨ ᠳᠦ ᠵᠠᠯᠠᠷᠠᠨ᠎ᠠ》 ᠭᠡᠵᠦ ᠶᠧᠾᠦ᠋ ᠳᠤ ᠠᠢᠯᠠᠳᠤᠭᠰᠠᠨ ᠶᠣᠬᠣᠸᠠ ᠶᠢᠨ ᠦᠭᠡ ᠪᠡᠶᠡᠯᠡᠭᠳᠡᠵᠡᠢ᠃

13 ᠶᠦᠳᠠ ᠶᠢᠨ ᠬᠠᠭᠠᠨ ᠦᠽᠢᠶ᠎ᠠ ᠶᠢᠨ ᠭᠤᠴᠢ ᠶᠢᠰᠦᠳᠦᠭᠡᠷ ᠣᠨ ᠳᠤ᠂ ᠶᠠᠪᠧᠱ ᠤᠨ ᠬᠦᠦ ᠱᠠᠯᠦ᠋ᠮ ᠰᠠᠮᠠᠷᠢᠶ᠎ᠠ ᠳᠤ ᠬᠠᠭᠠᠨ ᠪᠣᠯᠵᠤ ᠨᠢᠭᠡ ᠰᠠᠷ᠎ᠠ ᠬᠠᠭᠠᠨᠴᠢᠯᠠᠪᠠ᠃ 14 ᠬᠠᠷᠢᠨ ᠭᠠᠳᠢ ᠶᠢᠨ ᠬᠦᠦ ᠮᠧᠨᠠᠾᠧᠮ ᠲᠢᠷᠽᠠ ᠠᠴᠠ ᠰᠠᠮᠠᠷᠢᠶ᠎ᠠ ᠥᠭᠡᠳᠡ ᠳᠠᠪᠰᠢᠵᠤ᠂ ᠶᠠᠪᠧᠱ ᠤᠨ ᠬᠦᠦ ᠱᠠᠯᠦ᠋ᠮ ᠢ ᠲᠡᠨᠳᠡ ᠴᠣᠬᠢᠵᠤ ᠠᠯᠠᠭᠠᠳ ᠲᠡᠭᠦᠨ ᠦ ᠣᠷᠣᠨ ᠳᠤ ᠬᠠᠭᠠᠨ ᠪᠣᠯᠪᠠ᠃ 15 ᠱᠠᠯᠦ᠋ᠮ ᠤᠨ ᠪᠤᠰᠤᠳ ᠶᠠᠪᠤᠳᠠᠯ ᠪᠣᠯᠣᠨ ᠲᠡᠭᠦᠨ ᠦ ᠵᠣᠬᠢᠶᠠᠭᠰᠠᠨ ᠬᠤᠤᠪᠢᠯᠳᠤᠭᠠᠨ ᠵᠡᠷᠭᠡ ᠨᠢ ᠢᠰᠷᠧᠯ ᠤᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠠᠢᠳᠠᠭ᠃ 16 ᠲᠡᠷᠡ ᠦᠶ᠎ᠡ ᠳᠦ ᠮᠧᠨᠠᠾᠧᠮ ᠲᠢᠷᠽᠠ ᠠᠴᠠ ᠢᠷᠡᠭᠡᠳ ᠲᠢᠹᠰᠠ ᠶᠢ ᠳᠠᠭᠠᠷᠢᠨ᠂ ᠬᠣᠲᠠ ᠪᠣᠯᠣᠨ ᠲᠡᠭᠦᠨ ᠦ ᠡᠷᠭᠢᠨ ᠲᠣᠭᠣᠷᠢᠨ ᠤ ᠪᠦᠭᠦᠳᠡ ᠶᠢ ᠴᠣᠬᠢᠪᠠ᠃ ᠬᠣᠲᠠ ᠶᠢᠨ ᠬᠠᠭᠠᠯᠭ᠎ᠠ ᠶᠢ ᠨᠡᠭᠡᠭᠡᠵᠦ ᠥᠭᠭᠥᠭᠰᠡᠨ ᠦᠭᠡᠢ ᠡᠴᠡ ᠪᠣᠯᠵᠤ᠂ ᠮᠧᠨᠠᠾᠧᠮ ᠲᠡᠷᠡ ᠭᠠᠵᠠᠷ ᠢ ᠳᠠᠭᠠᠷᠢᠨ ᠪᠦᠬᠦ ᠵᠢᠷᠮᠦᠰᠦᠨ ᠡᠮᠡᠭᠲᠡᠢᠴᠦᠳ ᠦᠨ ᠭᠡᠳᠡᠰᠦ ᠶᠢ ᠬᠠᠭᠠᠯᠪᠠ᠃

17 ᠶᠦᠳᠠ ᠶᠢᠨ ᠬᠠᠭᠠᠨ ᠠᠽᠠᠷᠢᠶ᠎ᠠ ᠶᠢᠨ ᠭᠤᠴᠢ ᠶᠢᠰᠦᠳᠦᠭᠡᠷ ᠣᠨ ᠳᠤ᠂ ᠭᠠᠳᠢ ᠶᠢᠨ ᠬᠦᠦ ᠮᠧᠨᠠᠾᠧᠮ ᠢᠰᠷᠧᠯ ᠤᠨ ᠬᠠᠭᠠᠨ ᠪᠣᠯᠵᠤ᠂ ᠰᠠᠮᠠᠷᠢᠶ᠎ᠠ ᠳᠤ ᠠᠷᠪᠠᠨ ᠵᠢᠯ ᠬᠠᠭᠠᠨᠴᠢᠯᠠᠪᠠ᠃ 18 ᠲᠡᠷᠡ ᠪᠡᠷ ᠶᠣᠬᠣᠸᠠ ᠶᠢᠨ ᠮᠡᠯᠮᠡᠢ ᠳᠦ ᠪᠤᠵᠠᠷ ᠮᠠᠭᠤ ᠶᠢ ᠦᠢᠯᠡᠳᠦᠨ᠂ ᠢᠰᠷᠧᠯ ᠢᠶᠠᠷ ᠨᠢᠭᠦᠯ ᠦᠢᠯᠡᠳᠦᠭᠦᠯᠦᠭᠰᠡᠨ ᠨᠧᠪᠠᠲ ᠤᠨ ᠬᠦᠦ ᠶᠧᠷᠣᠪᠣᠶᠠᠮ ᠤᠨ ᠨᠢᠭᠦᠯ ᠡᠴᠡ ᠬᠠᠭᠠᠨᠴᠢᠯᠠᠯ ᠤᠨ ᠢᠶᠠᠨ ᠪᠦᠬᠦ ᠡᠳᠦᠷ ᠤᠳ ᠤᠨ ᠲᠤᠷᠰᠢ ᠰᠠᠯᠤᠭᠰᠠᠨ ᠦᠭᠡᠢ᠃ 19 ᠠᠰᠢᠷᠢᠶ᠎ᠠ ᠶᠢᠨ ᠬᠠᠭᠠᠨ ᠫᠦᠯ ᠲᠡᠷᠡ ᠨᠤᠲᠤᠭ ᠲᠤ ᠬᠠᠯᠳᠠᠨ ᠢᠷᠡᠬᠦ ᠳᠦ᠂ ᠮᠧᠨᠠᠾᠧᠮ ᠲᠡᠭᠦᠨ ᠦ ᠭᠠᠷ ᠢᠶᠠᠷ ᠥᠪᠡᠷ ᠦᠨ ᠢᠶᠠᠨ ᠵᠠᠬᠢᠷᠬᠤ ᠡᠷᠬᠡ ᠪᠡᠨ ᠪᠡᠬᠢᠵᠢᠭᠦᠯᠬᠦ ᠭᠡᠵᠦ ᠲᠡᠭᠦᠨ ᠳᠦ ᠮᠢᠩ᠋ᠭᠠᠨ ᠲᠠᠯᠠᠨᠲ 18 ᠮᠥᠩᠭᠥ ᠥᠭᠴᠡᠢ᠃ 20 ᠮᠧᠨᠠᠾᠧᠮ ᠢᠰᠷᠧᠯ ᠤᠨ ᠰᠡᠩᠰᠡᠨ ᠪᠠᠶᠠᠨ ᠪᠣᠯᠭᠠᠨ ᠢ ᠠᠯᠪᠠᠳᠠᠨ᠂ ᠲᠡᠳᠡᠨ ᠦ ᠬᠥᠮᠦᠨ ᠪᠦᠷᠢ ᠡᠴᠡ ᠲᠠᠪᠢᠨ ᠱᠧᠺᠧᠯ 19 ᠮᠥᠩᠭᠥ ᠬᠤᠷᠢᠶᠠᠵᠤ᠂ ᠡᠳᠡᠭᠡᠷ ᠮᠥᠩᠭᠥ ᠶᠢ ᠠᠰᠢᠷᠢᠶ᠎ᠠ ᠶᠢᠨ ᠬᠠᠭᠠᠨ ᠳᠤ ᠥᠭᠭᠥᠭᠰᠡᠨ ᠳᠦ᠂ ᠠᠰᠢᠷᠢᠶ᠎ᠠ ᠶᠢᠨ ᠬᠠᠭᠠᠨ ᠲᠡᠷᠡ ᠨᠤᠲᠤᠭ ᠲᠤ ᠦᠯᠡᠳᠡᠯ ᠦᠭᠡᠢ ᠪᠤᠴᠠᠵᠠᠢ᠃ 21 ᠮᠧᠨᠠᠾᠧᠮ ᠤᠨ ᠪᠤᠰᠤᠳ ᠶᠠᠪᠤᠳᠠᠯ ᠪᠣᠯᠣᠨ ᠲᠡᠭᠦᠨ ᠦ ᠬᠢᠭᠰᠡᠨ ᠪᠦᠬᠦᠨ ᠢᠰᠷᠧᠯ ᠤᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠢᠰᠢ ᠤᠤ︖ 22 ᠮᠧᠨᠠᠾᠧᠮ ᠡᠴᠢᠭᠡ ᠡᠪᠦᠭᠡᠳ ᠦᠨ ᠢᠶᠠᠨ ᠬᠠᠮᠲᠤ ᠨᠣᠢᠷᠰᠣᠭᠰᠠᠨ ᠪᠥᠭᠡᠳ ᠬᠦᠦ ᠫᠧᠺᠠᠾᠢᠶ᠎ᠠ ᠨᠢ ᠲᠡᠭᠦᠨ ᠢ ᠵᠠᠯᠭᠠᠮᠵᠢᠯᠠᠨ ᠬᠠᠭᠠᠨ ᠪᠣᠯᠪᠠ᠃

23 ᠶᠦᠳᠠ ᠶᠢᠨ ᠬᠠᠭᠠᠨ ᠠᠽᠠᠷᠢᠶ᠎ᠠ ᠶᠢᠨ ᠲᠠᠪᠢᠳᠤᠭᠠᠷ ᠣᠨ ᠳᠤ᠂ ᠮᠧᠨᠠᠾᠧᠮ ᠤᠨ ᠬᠦᠦ ᠫᠧᠺᠠᠾᠢᠶ᠎ᠠ ᠰᠠᠮᠠᠷᠢᠶ᠎ᠠ ᠳᠤ ᠢᠰᠷᠧᠯ ᠤᠨ ᠬᠠᠭᠠᠨ ᠪᠣᠯᠵᠤ᠂ ᠬᠣᠶᠠᠷ ᠵᠢᠯ ᠵᠠᠬᠢᠷᠪᠠ᠃ 24 ᠲᠡᠷᠡ ᠶᠣᠬᠣᠸᠠ ᠶᠢᠨ ᠮᠡᠯᠮᠡᠢ ᠳᠦ ᠪᠤᠵᠠᠷ ᠮᠠᠭᠤ ᠶᠢ ᠦᠢᠯᠡᠳᠦᠨ᠂ ᠢᠰᠷᠧᠯ ᠢᠶᠠᠷ ᠨᠢᠭᠦᠯ ᠦᠢᠯᠡᠳᠦᠭᠦᠯᠦᠭᠰᠡᠨ ᠨᠧᠪᠠᠲ ᠤᠨ ᠬᠦᠦ ᠶᠧᠷᠣᠪᠣᠶᠠᠮ ᠤᠨ ᠨᠢᠭᠦᠯ ᠡᠴᠡ ᠰᠠᠯᠤᠭᠰᠠᠨ ᠦᠭᠡᠢ᠃ 25 ᠲᠦᠰᠢᠮᠡᠯ ᠷᠧᠮᠠᠯᠢᠶ᠎ᠠ ᠶᠢᠨ ᠬᠢᠨᠢ ᠬᠦᠦ ᠫᠧᠺᠠ ᠲᠡᠭᠦᠨ ᠦ ᠡᠰᠡᠷᠭᠦ ᠬᠤᠤᠪᠢᠯᠳᠤᠵᠤ᠂ ᠠᠷᠭᠣᠪ᠂ ᠠᠷᠢᠶᠧ ᠨᠠᠷ ᠪᠣᠯᠣᠨ ᠭᠢᠯᠧᠶᠠᠳ᠋ ᠤᠨ ᠲᠠᠪᠢᠨ ᠡᠷ᠎ᠡ ᠶᠢᠨ ᠬᠠᠮᠲᠤ ᠲᠡᠭᠦᠨ ᠢ ᠰᠠᠮᠠᠷᠢᠶ᠎ᠠ ᠳᠠᠬᠢ ᠬᠠᠭᠠᠨ ᠤ ᠥᠷᠭᠥᠭᠡᠨ ᠦ ᠰᠢᠯᠲᠦᠭᠡᠨ 20  ᠳᠤ ᠴᠣᠬᠢᠵᠤ ᠠᠯᠠᠭᠠᠳ ᠲᠡᠭᠦᠨ ᠦ ᠣᠷᠣᠨ ᠳᠤ ᠬᠠᠭᠠᠨ ᠪᠣᠯᠪᠠ᠃ 26 ᠫᠧᠺᠠᠾᠢᠶ᠎ᠠ ᠶᠢᠨ ᠪᠤᠰᠤᠳ ᠶᠠᠪᠤᠳᠠᠯ ᠪᠣᠯᠣᠨ ᠲᠡᠭᠦᠨ ᠦ ᠬᠢᠭᠰᠡᠨ ᠪᠦᠬᠦᠨ ᠨᠢ ᠢᠰᠷᠧᠯ ᠤᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠠᠢᠳᠠᠭ᠃

27 ᠶᠦᠳᠠ ᠶᠢᠨ ᠬᠠᠭᠠᠨ ᠠᠽᠠᠷᠢᠶ᠎ᠠ ᠶᠢᠨ ᠲᠠᠪᠢᠨ ᠬᠣᠶᠠᠳᠤᠭᠠᠷ ᠣᠨ ᠳᠤ᠂ ᠷᠧᠮᠠᠯᠢᠶ᠎ᠠ ᠶᠢᠨ ᠬᠦᠦ ᠫᠧᠺᠠ ᠰᠠᠮᠠᠷᠢᠶ᠎ᠠ ᠳᠤ ᠢᠰᠷᠧᠯ ᠤᠨ ᠬᠠᠭᠠᠨ ᠪᠣᠯᠵᠤ᠂ ᠬᠣᠷᠢᠨ ᠵᠢᠯ ᠬᠠᠭᠠᠨᠴᠢᠯᠠᠪᠠ᠃ 28 ᠲᠡᠷᠡ ᠶᠣᠬᠣᠸᠠ ᠶᠢᠨ ᠮᠡᠯᠮᠡᠢ ᠳᠦ ᠪᠤᠵᠠᠷ ᠮᠠᠭᠤ ᠶᠢ ᠦᠢᠯᠡᠳᠦᠨ᠂ ᠢᠰᠷᠧᠯ ᠢᠶᠠᠷ ᠨᠢᠭᠦᠯ ᠦᠢᠯᠡᠳᠦᠭᠦᠯᠦᠭᠰᠡᠨ ᠨᠧᠪᠠᠲ ᠤᠨ ᠬᠦᠦ ᠶᠧᠷᠣᠪᠣᠶᠠᠮ ᠤᠨ ᠨᠢᠭᠦᠯ ᠡᠴᠡ ᠰᠠᠯᠤᠭᠰᠠᠨ ᠦᠭᠡᠢ᠃

29 ᠢᠰᠷᠧᠯ ᠤᠨ ᠬᠠᠭᠠᠨ ᠫᠧᠺᠠ ᠶᠢᠨ ᠡᠳᠦᠷ ᠤᠳ ᠲᠤ ᠠᠰᠢᠷᠢᠶ᠎ᠠ ᠶᠢᠨ ᠬᠠᠭᠠᠨ ᠲᠢᠭᠯᠠᠲ ᠫᠢᠯᠧᠰᠧᠷ ᠢᠷᠡᠵᠦ᠂ ᠢᠶᠣᠨ᠂ ᠠᠪᠧᠯ ᠪᠧᠲ ᠮᠠᠺᠠ᠂ ᠶᠠᠨᠣᠶ᠎ᠠ᠂ ᠺᠧᠳᠧᠱ᠂ ᠬᠠᠽᠣᠷ᠂ ᠭᠢᠯᠧᠶᠠᠳ᠋᠂ ᠭᠠᠯᠢᠯᠠᠶ᠎ᠠ ᠪᠣᠯᠣᠨ ᠨᠠᠹᠲ᠋ᠠᠯᠢ ᠶᠢᠨ ᠪᠦᠬᠦ ᠨᠤᠲᠤᠭ ᠢ ᠡᠵᠡᠯᠡᠨ ᠠᠪᠴᠤ᠂ ᠬᠥᠮᠦᠰ ᠢ ᠣᠯᠵᠠᠯᠠᠨ ᠠᠰᠢᠷᠢᠶ᠎ᠠ ᠤᠷᠤᠭᠤ ᠴᠥᠯᠡᠪᠡ᠃ 30 ᠲᠡᠷᠡ ᠦᠶ᠎ᠡ ᠳᠦ ᠡᠯᠠ ᠶᠢᠨ ᠬᠦᠦ ᠬᠣᠱᠧᠶ᠎ᠠ ᠷᠧᠮᠠᠯᠢᠶ᠎ᠠ ᠶᠢᠨ ᠬᠦᠦ ᠫᠧᠺᠠ ᠶᠢᠨ ᠡᠰᠡᠷᠭᠦ ᠬᠤᠤᠪᠢᠯᠳᠤᠵᠤ᠂ ᠲᠡᠭᠦᠨ ᠢ ᠴᠣᠬᠢᠵᠤ ᠠᠯᠠᠭᠠᠳ ᠦᠽᠢᠶ᠎ᠠ ᠶᠢᠨ ᠬᠦᠦ ᠶᠣᠲ᠋ᠠᠮ ᠤᠨ ᠬᠣᠷᠢᠳᠤᠭᠠᠷ ᠣᠨ ᠳᠤ᠂ ᠲᠡᠭᠦᠨ ᠦ ᠣᠷᠣᠨ ᠳᠤ ᠬᠠᠭᠠᠨ ᠪᠣᠯᠪᠠ᠃ 31 ᠫᠧᠺᠠ ᠶᠢᠨ ᠪᠤᠰᠤᠳ ᠶᠠᠪᠤᠳᠠᠯ ᠪᠣᠯᠣᠨ ᠲᠡᠭᠦᠨ ᠦ ᠬᠢᠭᠰᠡᠨ ᠪᠦᠬᠦᠨ ᠨᠢ ᠢᠰᠷᠧᠯ ᠤᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠠᠢᠳᠠᠭ᠃
 ᠶᠦᠳᠠ ᠶᠢᠨ ᠬᠠᠭᠠᠨ ᠶᠣᠲ᠋ᠠᠮ

32 ᠢᠰᠷᠧᠯ ᠤᠨ ᠬᠠᠭᠠᠨ ᠷᠧᠮᠠᠯᠢᠶ᠎ᠠ ᠶᠢᠨ ᠬᠦᠦ ᠫᠧᠺᠠ ᠶᠢᠨ ᠬᠣᠶᠠᠳᠤᠭᠠᠷ ᠣᠨ ᠳᠤ᠂ ᠶᠦᠳᠠ ᠶᠢᠨ ᠬᠠᠭᠠᠨ ᠦᠽᠢᠶ᠎ᠠ ᠶᠢᠨ ᠬᠦᠦ ᠶᠣᠲ᠋ᠠᠮ ᠬᠠᠭᠠᠨ ᠪᠣᠯᠪᠠ᠃ 33 ᠲᠡᠷᠡ ᠬᠣᠷᠢᠨ ᠲᠠᠪᠤᠨ ᠨᠠᠰᠤᠲᠠᠢ ᠳᠠᠭᠠᠨ ᠬᠠᠭᠠᠨ ᠪᠣᠯᠣᠭᠠᠳ ᠶᠧᠷᠦ᠋ᠰᠠᠯᠧᠮ ᠳᠤ ᠠᠷᠪᠠᠨ ᠵᠢᠷᠭᠤᠭᠠᠨ ᠵᠢᠯ ᠬᠠᠭᠠᠨᠴᠢᠯᠠᠭᠰᠠᠨ ᠶᠤᠮ᠃ ᠡᠬᠡ ᠨᠢ ᠽᠠᠳᠣᠺ ᠤᠨ ᠥᠬᠢᠨ ᠶᠧᠷᠦ᠋ᠱᠠ ᠪᠠᠢᠪᠠ᠃ 34 ᠶᠣᠲ᠋ᠠᠮ ᠡᠴᠢᠭᠡ ᠦᠽᠢᠶ᠎ᠠ ᠶᠢᠨ ᠢᠶᠠᠨ ᠬᠢᠭᠰᠡᠨ ᠪᠦᠬᠦᠨ ᠲᠡᠢ ᠠᠳᠠᠯᠢ ᠬᠢᠵᠦ ᠶᠣᠬᠣᠸᠠ ᠶᠢᠨ ᠮᠡᠯᠮᠡᠢ ᠳᠦ ᠵᠥᠪ ᠢ ᠦᠢᠯᠡᠳᠦᠭᠰᠡᠨ ᠪᠣᠯᠪᠠᠴᠤ 35 ᠮᠥᠷᠭᠥᠯ ᠦᠨ ᠮᠠᠨᠳᠠᠯ ᠤᠳ ᠢ ᠵᠠᠢᠯᠠᠭᠤᠯᠤᠭᠰᠠᠨ ᠦᠭᠡᠢ᠃ ᠠᠷᠠᠳ ᠲᠦᠮᠡᠨ ᠮᠥᠷᠭᠥᠯ ᠦᠨ ᠮᠠᠨᠳᠠᠯ ᠤᠳ ᠳᠡᠭᠡᠷ᠎ᠡ ᠲᠠᠬᠢᠯ ᠡᠷᠭᠦᠵᠦ᠂ ᠤᠲᠤᠯᠭ᠎ᠠ ᠤᠭᠤᠭᠢᠭᠤᠯᠤᠭᠰᠠᠭᠠᠷ ᠪᠠᠢᠪᠠ᠃ ᠲᠡᠷᠡ ᠶᠣᠬᠣᠸᠠ ᠶᠢᠨ ᠥᠷᠭᠥᠭᠡᠨ ᠦ ᠳᠡᠭᠡᠳᠦ ᠬᠠᠭᠠᠯᠭ᠎ᠠ ᠶᠢ ᠪᠣᠰᠬᠠᠭᠰᠠᠨ ᠶᠤᠮ᠃ 36 ᠶᠣᠲ᠋ᠠᠮ ᠤᠨ ᠪᠤᠰᠤᠳ ᠶᠠᠪᠤᠳᠠᠯ ᠪᠣᠯᠣᠨ ᠲᠡᠭᠦᠨ ᠦ ᠬᠢᠭᠰᠡᠨ ᠪᠦᠬᠦᠨ ᠨᠢ ᠶᠦᠳᠠ ᠶᠢᠨ ᠬᠠᠭᠠᠳ ᠤᠨ ᠨᠠᠮᠲᠠᠷ ᠲᠤ ᠪᠢᠴᠢᠭᠳᠡᠭᠰᠡᠨ ᠪᠢᠰᠢ ᠤᠤ︖ 37 ᠲᠡᠷᠡ ᠡᠳᠦᠷ ᠤᠳ ᠲᠤ ᠶᠣᠬᠣᠸᠠ ᠶᠦᠳᠠ ᠤᠷᠤᠭᠤ ᠠᠷᠠᠮ ᠤᠨ ᠬᠠᠭᠠᠨ ᠷᠧᠽᠢᠨ ᠪᠣᠯᠣᠨ ᠷᠧᠮᠠᠯᠢᠶ᠎ᠠ ᠶᠢᠨ ᠬᠦᠦ ᠫᠧᠺᠠ ᠨᠠᠷ ᠢ ᠢᠯᠡᠭᠡᠵᠦ ᠡᠬᠢᠯᠡᠪᠡ᠃ 38 ᠶᠣᠲ᠋ᠠᠮ ᠡᠴᠢᠭᠡ ᠡᠪᠦᠭᠡᠳ ᠦᠨ ᠢᠶᠠᠨ ᠬᠠᠮᠲᠤ ᠨᠣᠢᠷᠰᠣᠵᠤ᠂ ᠡᠴᠢᠭᠡ ᠡᠪᠦᠭᠡ ᠳ᠋ᠠᠸᠢᠳ᠋ ᠤᠨ ᠢᠶᠠᠨ ᠬᠣᠲᠠ ᠳᠤ ᠡᠴᠢᠭᠡ ᠡᠪᠦᠭᠡᠳ ᠦᠨ ᠢᠶᠠᠨ ᠳᠡᠷᠭᠡᠳᠡ ᠪᠤᠯᠠᠰᠢᠯᠠᠭᠳᠠᠪᠠ᠃ ᠬᠦᠦ ᠠᠬᠠᠽ ᠨᠢ ᠲᠡᠭᠦᠨ ᠢ ᠵᠠᠯᠭᠠᠮᠵᠢᠯᠠᠨ ᠬᠠᠭᠠᠨ ᠪᠣᠯᠪᠠ᠃