ᠡᠽᠧᠺᠢᠶᠧᠯ ᠬᠣᠷᠢᠨ ᠲᠠᠪᠤ
ᠠᠮᠣᠨ ᠤ ᠲᠤᠬᠠᠢ ᠡᠰᠢ ᠦᠵᠡᠭᠦᠯᠦᠯᠭᠡ
1 ᠶᠣᠬᠣᠸᠠ ᠶᠢᠨ ᠦᠭᠡ ᠨᠠᠳᠠ ᠳᠤ ᠢᠷᠡᠪᠡ᠄ 2 《ᠬᠥᠮᠦᠨ ᠦ ᠬᠦᠦ ᠡ᠂ ᠠᠮᠣᠨᠴᠤᠳ ᠤᠷᠤᠭᠤ ᠨᠢᠭᠤᠷ ᠢᠶᠠᠨ ᠬᠠᠨᠳᠤᠭᠤᠯᠵᠤ᠂ ᠲᠡᠳᠡᠨ ᠦ ᠡᠰᠡᠷᠭᠦ ᠡᠰᠢ ᠦᠵᠡᠭᠦᠯᠦᠨ᠂ 3 ᠠᠮᠣᠨᠴᠤᠳ ᠲᠤ ᠶᠠᠷᠢ᠄ 〈ᠡᠵᠡᠨ ᠶᠣᠬᠣᠸᠠ ᠶᠢᠨ ᠦᠭᠡ ᠶᠢ ᠰᠣᠨᠣᠰ︕ ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠂ ᠠᠷᠢᠭᠤᠨ ᠭᠠᠵᠠᠷ ᠮᠢᠨᠢ ᠪᠤᠵᠠᠷᠯᠠᠭᠳᠠᠬᠤ ᠳᠤ᠂ ᠢᠰᠷᠧᠯ ᠤᠨ ᠨᠤᠲᠤᠭ ᠡᠵᠡᠭᠦᠢᠷᠡᠬᠦ ᠳᠦ᠂ ᠶᠦᠳᠠ ᠶᠢᠨ ᠭᠡᠷ ᠦᠨ ᠬᠢᠨ ᠴᠥᠯᠡᠭᠳᠡᠬᠦ ᠳᠦ ᠴᠢ 〈ᠬᠠ᠂ ᠬᠠ〉 ᠬᠡᠮᠡᠭᠰᠡᠨ᠃ 4 ᠲᠡᠢᠮᠦ ᠡᠴᠡ ᠠᠩ᠋ᠬᠠᠷᠤᠭᠲᠤᠨ᠂ ᠪᠢ ᠴᠢᠮᠠᠶᠢ ᠳᠣᠷᠣᠨ᠎ᠠ ᠶᠢᠨ ᠦᠨᠳᠦᠰᠦᠲᠡᠨ ᠦ ᠥᠮᠴᠢ ᠪᠣᠯᠭᠠᠨ ᠲᠡᠳᠡᠨ ᠳᠦ ᠥᠭᠭᠥᠨ᠎ᠡ᠃ ᠲᠡᠳᠡ ᠴᠢᠨᠦ ᠬᠣᠲᠠ ᠶᠢᠨ ᠳᠤᠮᠳᠠ ᠬᠤᠸᠠᠷᠠᠨ ᠢᠶᠠᠨ ᠪᠠᠷᠢᠵᠤ᠂ ᠭᠡᠷ ᠤᠳ ᠢᠶᠠᠨ ᠪᠣᠰᠬᠠᠨ᠂ ᠦᠷ᠎ᠡ ᠵᠢᠮᠢᠰ ᠢ ᠴᠢᠨᠢ ᠢᠳᠡᠵᠦ᠂ ᠰᠦ᠋ ᠶᠢ ᠴᠢᠨᠢ ᠤᠤᠭᠤᠬᠤ ᠪᠣᠯᠣᠨ᠎ᠠ᠃ 5 ᠪᠢ ᠷᠠᠪᠠ ᠶᠢ ᠲᠡᠮᠡᠭᠡᠨ ᠦ ᠪᠡᠯᠴᠢᠭᠡᠷ᠂ ᠠᠮᠣᠨ ᠢ ᠬᠣᠨᠢᠨ ᠤ ᠬᠡᠪᠲᠡᠷᠢ ᠪᠣᠯᠭᠠᠨ᠎ᠠ᠃ ᠲᠡᠢᠨ ᠬᠦ ᠲᠠ ᠨᠠᠷ ᠨᠠᠮᠠᠶᠢ ᠶᠣᠬᠣᠸᠠ ᠭᠡᠳᠡᠭ ᠢ ᠮᠡᠳᠡᠬᠦ ᠪᠣᠯᠣᠨ᠎ᠠ᠃〉》 6 ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠴᠢ ᠢᠰᠷᠧᠯ ᠤᠨ ᠨᠤᠲᠤᠭ ᠢ ᠲᠤᠢᠯ ᠢᠶᠠᠷ ᠵᠢᠭ᠍ᠰᠢᠨ᠂ ᠠᠯᠠᠭ᠎ᠠ ᠪᠠᠨ ᠲᠠᠰᠢᠵᠤ᠂ ᠬᠥᠯ ᠢᠶᠡᠨ ᠳᠡᠪᠰᠡᠯᠡᠨ ᠰᠡᠳᠬᠢᠯ ᠳᠡᠭᠡᠨ ᠳᠠᠪᠠᠯᠠᠭᠰᠠᠨ᠃ 7 ᠪᠢ ᠴᠢᠮ᠎ᠠ ᠤᠷᠤᠭᠤ ᠮᠤᠲᠤᠷ ᠢᠶᠠᠨ ᠰᠤᠩ᠋ᠭᠠᠵᠤ᠂ ᠴᠢᠮᠠᠶᠢ ᠦᠨᠳᠦᠰᠦᠲᠡᠨ ᠨᠦᠭᠦᠳ ᠲᠦ ᠣᠯᠵᠠ ᠪᠣᠯᠭᠠᠨ ᠥᠭᠭᠥᠨ᠎ᠡ᠃ ᠪᠢ ᠴᠢᠮᠠᠶᠢ ᠦᠨᠳᠦᠰᠦᠲᠡᠨ ᠨᠦᠭᠦᠳ ᠡᠴᠡ ᠲᠠᠰᠤᠯᠤᠨ᠂ ᠭᠦᠷᠦᠨ ᠨᠦᠭᠦᠳ ᠡᠴᠡ ᠤᠰᠠᠳᠬᠠᠵᠤ ᠰᠥᠨᠥᠭᠡᠨ᠎ᠡ᠃ ᠡᠢᠨ ᠬᠦ ᠴᠢ ᠨᠠᠮᠠᠶᠢ ᠶᠣᠬᠣᠸᠠ ᠭᠡᠳᠡᠭ ᠢ ᠮᠡᠳᠡᠬᠦ ᠪᠣᠯᠣᠨ᠎ᠠ᠃》
ᠮᠣᠶᠠᠪ ᠤᠨ ᠲᠤᠬᠠᠢ ᠡᠰᠢ ᠦᠵᠡᠭᠦᠯᠦᠯᠭᠡ
8 ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠮᠣᠶᠠᠪ ᠪᠣᠯᠣᠨ ᠰᠧᠷ᠄ 〈ᠬᠠᠷ᠎ᠠ᠂ ᠶᠦᠳᠠ ᠶᠢᠨ ᠭᠡᠷ ᠪᠤᠰᠤᠳ ᠪᠦᠬᠦ ᠦᠨᠳᠦᠰᠦᠲᠡᠨ ᠲᠡᠢ ᠠᠳᠠᠯᠢ〉 ᠭᠡᠯᠴᠡᠳᠡᠭ᠃ 9 ᠲᠡᠢᠮᠦ ᠡᠴᠡ ᠪᠢ ᠲᠡᠷᠡ ᠨᠤᠲᠤᠭ ᠤᠨ ᠪᠠᠬᠠᠷᠬᠠᠯ ᠪᠣᠯᠬᠤ ᠪᠧᠲ ᠶᠧᠱᠢᠮᠣᠲ᠂ ᠪᠠᠯ ᠮᠧᠶᠣᠨ᠂ ᠺᠢᠷᠢᠶᠠᠲ᠋ᠠᠢᠮ ᠵᠡᠷᠭᠡ ᠬᠢᠯᠢ ᠬᠢᠵᠠᠭᠠᠷ ᠤᠨ ᠬᠣᠲᠠ ᠨᠤᠭᠤᠳ ᠠᠴᠠ ᠨᠢ ᠡᠬᠢᠯᠡᠨ ᠮᠣᠶᠠᠪ ᠤᠨ ᠬᠠᠵᠠᠭᠤ ᠲᠠᠯ᠎ᠠ ᠶᠢ ᠣᠩ᠋ᠭᠣᠢᠯᠭᠠᠬᠤ ᠭᠡᠵᠦ ᠪᠠᠢᠨ᠎ᠠ᠃ 10 ᠪᠢ ᠮᠣᠶᠠᠪ ᠢ ᠠᠮᠣᠨᠴᠤᠳ ᠲᠠᠢ ᠬᠠᠮᠲᠤ ᠳᠣᠷᠣᠨ᠎ᠠ ᠶᠢᠨ ᠦᠨᠳᠦᠰᠦᠲᠡᠨ ᠳᠦ ᠥᠮᠴᠢ ᠪᠣᠯᠭᠠᠨ ᠥᠭᠭᠥᠨ᠎ᠡ᠂ ᠡᠢᠨ ᠬᠦ ᠠᠮᠣᠨᠴᠤᠳ ᠦᠨᠳᠦᠰᠦᠲᠡᠨ ᠨᠦᠭᠦᠳ ᠦᠨ ᠳᠤᠮᠳᠠ ᠳᠤᠷᠠᠰᠤᠭᠳᠠᠬᠤ ᠦᠭᠡᠢ ᠪᠣᠯᠣᠨ᠎ᠠ᠃ 11 ᠪᠢ ᠮᠣᠶᠠᠪ ᠲᠤ ᠰᠢᠳᠬᠡᠯ ᠪᠠᠭᠤᠯᠭᠠᠬᠤ ᠳᠤ᠂ ᠲᠡᠳᠡ ᠨᠠᠮᠠᠶᠢ ᠶᠣᠬᠣᠸᠠ ᠭᠡᠳᠡᠭ ᠢ ᠮᠡᠳᠡᠬᠦ ᠪᠣᠯᠣᠨ᠎ᠠ᠃》
ᠡᠳᠣᠮ ᠤᠨ ᠲᠤᠬᠠᠢ ᠡᠰᠢ ᠦᠵᠡᠭᠦᠯᠦᠯᠭᠡ
12 ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠡᠳᠣᠮ ᠶᠦᠳᠠ ᠶᠢᠨ ᠭᠡᠷ ᠡᠴᠡ ᠥᠰᠢᠶ᠎ᠡ ᠠᠪᠤᠭᠰᠠᠨ᠂ ᠬᠠᠷᠢᠨ ᠥᠰᠢᠶ᠎ᠡ ᠠᠪᠤᠭᠰᠠᠨ ᠢᠶᠠᠷ ᠢᠶᠠᠨ ᠶᠡᠬᠡ ᠨᠢᠭᠦᠯ ᠦᠢᠯᠡᠳᠪᠡ᠃》 13 ᠲᠡᠢᠮᠦ ᠡᠴᠡ ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠪᠢ ᠡᠳᠣᠮ ᠤᠷᠤᠭᠤ ᠮᠤᠲᠤᠷ ᠢᠶᠠᠨ ᠰᠤᠩ᠋ᠭᠠᠵᠤ᠂ ᠲᠡᠭᠦᠨ ᠡᠴᠡ ᠬᠥᠮᠦᠨ ᠠᠮᠢᠲᠠᠨ ᠢ ᠲᠠᠰᠤᠯᠤᠨ᠂ ᠲᠡᠭᠦᠨ ᠢ ᠪᠠᠯᠭᠠᠰᠤ ᠪᠣᠯᠭᠠᠨ᠎ᠠ᠃ ᠲᠧᠮᠠᠨ ᠠᠴᠠ ᠳ᠋ᠧᠳᠠᠨ ᠬᠦᠷᠲᠡᠯ᠎ᠡ ᠲᠡᠳᠡ ᠢᠯᠳᠦᠨ ᠳᠦ ᠤᠨᠠᠨ᠎ᠠ᠃ 14 ᠪᠢ ᠠᠷᠠᠳ ᠲᠦᠮᠡᠨ ᠢᠰᠷᠧᠯ ᠤᠨ ᠢᠶᠠᠨ ᠭᠠᠷ ᠢᠶᠠᠷ ᠡᠳᠣᠮ ᠠᠴᠠ ᠥᠰᠢᠶ᠎ᠡ ᠪᠡᠨ ᠠᠪᠤᠨ᠎ᠠ᠂ ᠲᠡᠳᠡ ᠮᠢᠨᠦ ᠠᠭᠤᠷ ᠬᠢᠯᠢᠩ ᠤᠨ ᠳᠠᠭᠠᠤ ᠡᠳᠣᠮ ᠳᠤ ᠦᠢᠯᠡᠳᠬᠦ ᠪᠣᠯᠣᠨ᠎ᠠ᠃ ᠲᠡᠢᠨ ᠬᠦ ᠪᠢ ᠥᠰᠢᠶ᠎ᠡ ᠠᠪᠴᠤ ᠪᠠᠢᠭ᠎ᠠ ᠶᠢ ᠡᠳᠣᠮ ᠮᠡᠳᠡᠬᠦ ᠪᠣᠯᠣᠨ᠎ᠠ᠃》 ᠡᠵᠡᠨ ᠶᠣᠬᠣᠸᠠ ᠠᠢᠯᠠᠳᠴᠤ ᠪᠠᠢᠨ᠎ᠠ᠃
ᠹᠢᠯᠢᠰᠲ ᠶᠢᠨ ᠲᠤᠬᠠᠢ ᠡᠰᠢ ᠦᠵᠡᠭᠦᠯᠦᠯᠭᠡ
15 ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠹᠢᠯᠢᠰᠲ᠋ᠴᠦᠳ ᠡᠷᠲᠡᠨ ᠡᠴᠡ ᠶᠦᠳᠠ ᠶᠢ ᠳᠠᠢᠰᠤᠩᠨᠠᠨ ᠤᠰᠠᠳᠬᠠᠬᠤ ᠭᠡᠵᠦ ᠬᠣᠷᠣᠰᠣᠯ ᠲᠠᠢ ᠪᠠᠷ ᠦᠢᠯᠡᠳᠦᠨ᠂ ᠬᠣᠷᠣᠨ ᠮᠠᠭᠤ ᠰᠠᠨᠠᠭ᠎ᠠ ᠪᠠᠷ ᠥᠰᠢᠶ᠎ᠡ ᠠᠪᠤᠭᠰᠠᠨ ᠤᠴᠢᠷ ᠠᠴᠠ᠂ 16 ᠡᠵᠡᠨ ᠶᠣᠬᠣᠸᠠ ᠡᠢᠨ ᠬᠦ ᠠᠢᠯᠠᠳᠴᠤ ᠪᠠᠢᠨ᠎ᠠ᠄ 《ᠬᠠᠷ᠎ᠠ᠂ ᠪᠢ ᠹᠢᠯᠢᠰᠲ᠋ᠴᠦᠳ ᠤᠷᠤᠭᠤ ᠮᠤᠲᠤᠷ ᠢᠶᠠᠨ ᠰᠤᠩ᠋ᠭᠠᠵᠤ᠂ ᠬᠧᠷᠧᠲ᠋ᠴᠦᠳ ᠢ ᠲᠠᠰᠤᠯᠤᠨ᠂ ᠳᠠᠯᠠᠢ ᠶᠢᠨ ᠬᠥᠪᠡᠭᠡ ᠶᠢᠨ ᠦᠯᠡᠳᠡᠭᠰᠡᠳ ᠢ ᠴᠤ ᠤᠰᠠᠳᠬᠠᠨ᠎ᠠ᠃ 17 ᠪᠢ ᠠᠭᠤᠷ ᠲᠠᠢ ᠪᠠᠷ ᠲᠡᠳᠡᠨ ᠢ ᠰᠢᠳᠬᠡᠨ᠂ ᠠᠶᠤᠮᠰᠢᠭᠲᠤ ᠥᠰᠢᠶ᠎ᠡ ᠠᠪᠤᠯᠲᠠ ᠶᠢ ᠭᠦᠢᠴᠡᠯᠳᠦᠭᠦᠯᠬᠦ ᠪᠣᠯᠣᠨ᠎ᠠ᠃ ᠪᠢ ᠲᠡᠳᠡᠨ ᠡᠴᠡ ᠥᠰᠢᠶ᠎ᠡ ᠠᠪᠬᠤ ᠳᠤ᠂ ᠲᠡᠳᠡ ᠨᠠᠮᠠᠶᠢ ᠶᠣᠬᠣᠸᠠ ᠭᠡᠳᠡᠭ ᠢ ᠮᠡᠳᠡᠬᠦ ᠪᠣᠯᠣᠨ᠎ᠠ》 ᠭᠡᠪᠡ᠃