ᠯᠧᠸᠢ ᠠᠷᠪᠠᠨ ᠵᠢᠷᠭᠤᠭ᠎ᠠ
ᠬᠡᠯᠲᠦᠷᠢᠭᠦᠯᠦᠯᠭᠡ ᠬᠢᠬᠦ ᠡᠳᠦᠷ
1 ᠠᠷᠣᠨ ᠤ ᠬᠣᠶᠠᠷ ᠬᠦᠦ ᠶᠣᠬᠣᠸᠠ ᠶᠢᠨ ᠡᠮᠦᠨ᠎ᠡ ᠣᠢᠷᠠᠲᠤᠨ ᠣᠴᠢᠭᠰᠠᠨ ᠢᠶᠠᠷ ᠦᠬᠦᠭᠰᠡᠨ ᠶᠠᠪᠤᠳᠠᠯ ᠤᠨ ᠳᠠᠷᠠᠭ᠎ᠠ᠂ ᠶᠣᠬᠣᠸᠠ ᠮᠣᠰᠧ ᠲᠠᠢ ᠶᠠᠷᠢᠪᠠ᠃ 2 ᠶᠣᠬᠣᠸᠠ ᠮᠣᠰᠧ ᠳᠤ ᠠᠢᠯᠠᠳᠤᠨ᠄
3 ᠠᠷᠣᠨ ᠠᠷᠢᠭᠤᠨ ᠭᠠᠵᠠᠷ ᠲᠤ ᠣᠷᠣᠬᠤ ᠭᠡᠪᠡᠯ ᠨᠢᠭᠦᠯ ᠦᠨ ᠲᠠᠬᠢᠯ ᠳᠠᠭᠠᠨ ᠵᠠᠯᠠᠭᠤ ᠪᠤᠬ᠎ᠠ᠂ ᠰᠢᠲᠠᠭᠠᠯᠭᠠᠲᠤ ᠲᠠᠬᠢᠯ ᠳᠠᠭᠠᠨ ᠬᠤᠴᠠ ᠶᠢ ᠡᠷᠭᠦᠬᠦ ᠪᠥᠭᠡᠳ 4 ᠪᠡᠶ᠎ᠡ ᠳᠡᠭᠡᠨ ᠮᠠᠭᠠᠯᠢᠩ᠋ᠭᠤᠨ ᠳᠣᠲᠣᠭᠤᠷ ᠬᠤᠪᠴᠠᠰᠤ ᠶᠢ᠂ ᠡᠭᠦᠨ ᠦ ᠳᠡᠭᠡᠷ᠎ᠡ ᠮᠠᠭᠠᠯᠢᠩ᠋ᠭᠤᠨ ᠴᠠᠮᠴᠠ ᠶᠢ ᠡᠮᠦᠰᠴᠦ᠂ ᠮᠠᠭᠠᠯᠢᠩ᠋ᠭᠤᠨ ᠪᠦᠰᠡ ᠪᠦᠰᠡᠯᠡᠨ᠂ ᠲᠣᠯᠣᠭᠠᠢ ᠪᠠᠨ ᠮᠠᠭᠠᠯᠢᠩ᠋ᠭᠤᠨ ᠣᠷᠢᠶᠠᠯᠲᠠ ᠪᠠᠷ ᠤᠷᠢᠶᠠᠬᠤ ᠶᠣᠰᠣᠲᠠᠢ᠃ ᠡᠳᠡᠭᠡᠷ ᠨᠢ ᠠᠷᠢᠭᠤᠨ ᠬᠤᠪᠴᠠᠰᠤ ᠪᠣᠯᠬᠣᠷ ᠲᠡᠷᠡ ᠡᠮᠦᠰᠬᠦ ᠶᠢᠨ ᠢᠶᠠᠨ ᠡᠮᠦᠨ᠎ᠡ ᠪᠡᠶ᠎ᠡ ᠪᠡᠨ ᠤᠰᠤᠨ ᠳᠤ ᠤᠬᠢᠶᠠᠬᠤ ᠶᠣᠰᠣᠲᠠᠢ᠃ 5 ᠲᠡᠭᠡᠭᠡᠳ ᠢᠰᠷᠧᠯᠴᠦᠳ ᠦᠨ ᠨᠡᠢᠲᠡ ᠴᠢᠭᠤᠯᠭᠠᠨ ᠠᠴᠠ ᠨᠢᠭᠦᠯ ᠦᠨ ᠲᠠᠬᠢᠯ ᠳᠤ ᠬᠣᠶᠠᠷ ᠤᠬᠤᠨ᠎ᠠ ᠶᠢ᠂ ᠰᠢᠲᠠᠭᠠᠯᠭᠠᠲᠤ ᠲᠠᠬᠢᠯ ᠳᠤ ᠨᠢᠭᠡ ᠬᠤᠴᠠ ᠶᠢ ᠠᠪᠤᠨ᠎ᠠ᠃
6 ᠠᠷᠣᠨ ᠥᠪᠡᠷ ᠦᠨ ᠢᠶᠠᠨ ᠨᠢᠭᠦᠯ ᠦᠨ ᠲᠠᠬᠢᠯ ᠳᠠᠭᠠᠨ ᠥᠨᠥᠬᠢ ᠪᠤᠬ᠎ᠠ ᠶᠢ ᠡᠷᠭᠦᠨ᠂ ᠥᠪᠡᠷ ᠦᠨ ᠪᠡᠶ᠎ᠡ ᠪᠣᠯᠣᠨ ᠭᠡᠷ ᠦᠨ ᠬᠢᠨ ᠤ ᠪᠠᠨ ᠲᠥᠯᠥᠭᠡ ᠭᠡᠮ ᠦᠨ ᠬᠡᠯᠲᠦᠷᠢᠭᠦᠯᠦᠯᠭᠡ ᠶᠢ ᠬᠢᠨ᠎ᠡ᠃ 7 ᠲᠡᠭᠡᠭᠡᠳ ᠠᠷᠣᠨ ᠬᠣᠶᠠᠷ ᠤᠬᠤᠨ᠎ᠠ ᠠᠪᠴᠤ᠂ ᠶᠣᠬᠣᠸᠠ ᠶᠢᠨ ᠡᠮᠦᠨ᠎ᠡ ᠠᠭᠤᠯᠵᠠᠯᠲᠠ ᠶᠢᠨ ᠴᠠᠴᠠᠷ ᠤᠨ ᠡᠭᠦᠳᠡᠨ ᠳᠦ ᠲᠠᠯᠪᠢᠭᠰᠠᠨ ᠤ ᠳᠠᠷᠠᠭ᠎ᠠ᠂ 8 ᠰᠢᠪᠠᠭ᠎ᠠ ᠲᠠᠲᠠᠨ᠂ ᠬᠣᠶᠠᠷ ᠤᠬᠤᠨ᠎ᠠ ᠶᠢᠨ ᠨᠢᠭᠡ ᠶᠢ ᠨᠢ ᠶᠣᠬᠣᠸᠠ ᠳᠤ ᠡᠷᠭᠦᠵᠦ᠂ ᠨᠥᠭᠥᠭᠡ ᠶᠢ ᠨᠢ ᠨᠢᠭᠦᠯ ᠡᠭᠦᠷᠦᠭᠴᠢ ᠪᠣᠯᠭᠠᠨ᠎ᠠ᠃ 9 ᠠᠷᠣᠨ ᠶᠣᠬᠣᠸᠠ ᠳᠤ ᠡᠷᠭᠦᠬᠦ ᠪᠡᠷ ᠰᠢᠪᠠᠭᠠᠨ ᠳᠤ ᠣᠨᠣᠭᠳᠠᠭᠰᠠᠨ ᠤᠬᠤᠨ᠎ᠠ ᠶᠢ ᠠᠪᠴᠢᠷᠠᠵᠤ ᠨᠢᠭᠦᠯ ᠦᠨ ᠲᠠᠬᠢᠯ ᠪᠣᠯᠭᠠᠨ ᠡᠷᠭᠦᠨ᠎ᠡ᠂ 10 ᠨᠢᠭᠦᠯ ᠡᠭᠦᠷᠦᠭᠴᠢ ᠪᠠᠷ ᠣᠨᠣᠭᠳᠠᠭᠰᠠᠨ ᠤᠬᠤᠨ᠎ᠠ ᠶᠢ ᠠᠮᠢᠳᠤ ᠪᠠᠷ ᠶᠣᠬᠣᠸᠠ ᠶᠢᠨ ᠡᠮᠦᠨ᠎ᠡ ᠵᠣᠭᠰᠣᠭᠠᠵᠤ᠂ ᠲᠡᠭᠦᠨ ᠳᠡᠭᠡᠷ᠎ᠡ ᠭᠡᠮ ᠦᠨ ᠬᠡᠯᠲᠦᠷᠢᠭᠦᠯᠦᠯᠭᠡ ᠶᠢ ᠬᠢᠭᠰᠡᠨ ᠦ ᠳᠠᠷᠠᠭ᠎ᠠ᠂ ᠲᠡᠭᠦᠨ ᠢ ᠨᠢᠭᠦᠯ ᠡᠭᠦᠷᠦᠭᠴᠢ ᠪᠣᠯᠭᠠᠨ ᠴᠥᠯ ᠤᠷᠤᠭᠤ ᠶᠠᠪᠤᠭᠤᠯᠤᠨ᠎ᠠ᠃
11 ᠠᠷᠣᠨ ᠥᠪᠡᠷ ᠦᠨ ᠢᠶᠠᠨ ᠨᠢᠭᠦᠯ ᠦᠨ ᠲᠠᠬᠢᠯ ᠳᠤ ᠪᠤᠬ᠎ᠠ ᠠᠪᠴᠢᠷᠠᠵᠤ᠂ ᠥᠪᠡᠷ ᠦᠨ ᠪᠡᠶ᠎ᠡ ᠪᠣᠯᠣᠨ ᠭᠡᠷ ᠦᠨ ᠬᠢᠨ ᠤ ᠪᠠᠨ ᠭᠡᠮ ᠦᠨ ᠬᠡᠯᠲᠦᠷᠢᠭᠦᠯᠦᠯᠭᠡ ᠶᠢ ᠬᠢᠬᠦ ᠶᠣᠰᠣᠲᠠᠢ᠃ ᠡᠭᠦᠨ ᠦ ᠲᠥᠯᠥᠭᠡ ᠲᠡᠷᠡ ᠥᠪᠡᠷ ᠦᠨ ᠢᠶᠠᠨ ᠨᠢᠭᠦᠯ ᠦᠨ ᠲᠠᠬᠢᠯ ᠳᠤ ᠪᠤᠬ᠎ᠠ ᠶᠢ ᠨᠢᠳᠤᠯᠤᠭᠰᠠᠨ ᠤ ᠳᠠᠷᠠᠭ᠎ᠠ᠂ 12 ᠶᠣᠬᠣᠸᠠ ᠶᠢᠨ ᠡᠮᠦᠨᠡᠬᠢ ᠲᠠᠬᠢᠯ ᠤᠨ ᠰᠢᠷᠡᠭᠡᠨ ᠳᠡᠭᠡᠷ᠎ᠡ ᠡᠴᠡ ᠠᠪᠤᠭᠰᠠᠨ ᠭᠠᠯ ᠲᠠᠢ ᠨᠡᠭᠦᠷᠡᠰᠦ ᠪᠡᠷ ᠪᠣᠢᠫᠣᠷ ᠢ ᠳᠦᠭᠦᠷᠭᠡᠭᠡᠳ᠂ ᠨᠤᠨᠲᠠᠭᠯᠠᠭᠰᠠᠨ ᠠᠩᠬᠢᠯᠤᠭᠤᠨ ᠤᠲᠤᠯᠭ᠎ᠠ ᠶᠢ ᠬᠣᠶᠠᠷ ᠠᠳᠬᠤ ᠠᠪᠴᠤ ᠬᠥᠰᠢᠭᠡ ᠶᠢᠨ ᠳᠣᠲᠣᠷ᠎ᠠ ᠣᠷᠣᠵᠤ᠂ 13 ᠶᠣᠬᠣᠸᠠ ᠶᠢᠨ ᠡᠮᠦᠨ᠎ᠡ ᠲᠡᠷᠡ ᠤᠲᠤᠯᠭ᠎ᠠ ᠶᠢ ᠭᠠᠯ ᠳᠡᠭᠡᠷ᠎ᠡ ᠬᠢᠬᠦ ᠪᠣᠯᠣᠨ᠎ᠠ᠃ ᠤᠲᠤᠯᠭ᠎ᠠ ᠶᠢᠨ ᠤᠲᠤᠭ᠎ᠠ ᠨᠢ ᠭᠡᠷᠡᠴᠢᠯᠡᠯ ᠦᠨ ᠠᠪᠳᠠᠷ᠎ᠠ ᠳᠡᠭᠡᠷᠡᠬᠢ ᠬᠡᠯᠲᠦᠷᠢᠭᠦᠯᠭᠡ ᠶᠢᠨ ᠬᠠᠪᠬᠠᠭ ᠢ ᠪᠦᠷᠬᠦᠬᠦ ᠶᠣᠰᠣᠲᠠᠢ᠃ ᠡᠰᠡ ᠪᠥᠭᠡᠰᠦ ᠲᠡᠷᠡ ᠦᠬᠦᠨ᠎ᠡ᠃ 14 ᠳᠠᠷᠠᠭ᠎ᠠ ᠨᠢ ᠪᠤᠬᠠᠨ ᠤ ᠴᠢᠰᠤᠨ ᠠᠴᠠ ᠠᠪᠴᠤ᠂ ᠬᠤᠷᠤᠭᠤ ᠪᠠᠷ ᠢᠶᠠᠨ ᠬᠡᠯᠲᠦᠷᠢᠭᠦᠯᠭᠡ ᠶᠢᠨ ᠬᠠᠪᠬᠠᠭ ᠤᠨ ᠳᠡᠭᠡᠭᠦᠷ ᠰᠠᠴᠤᠵᠤ᠂ ᠪᠠᠰᠠ ᠬᠤᠷᠤᠭᠤ ᠪᠠᠷ ᠢᠶᠠᠨ ᠬᠡᠯᠲᠦᠷᠢᠭᠦᠯᠭᠡ ᠶᠢᠨ ᠬᠠᠪᠬᠠᠭ ᠤᠨ ᠡᠮᠦᠨ᠎ᠡ ᠳᠣᠯᠣᠭᠠᠨ ᠤᠳᠠᠭ᠎ᠠ ᠰᠦᠷᠴᠢᠬᠦ ᠶᠣᠰᠣᠲᠠᠢ᠃
15 ᠲᠡᠭᠡᠭᠡᠳ ᠠᠷᠣᠨ ᠠᠷᠠᠳ ᠣᠯᠠᠨ ᠤ ᠨᠢᠭᠦᠯ ᠦᠨ ᠲᠠᠬᠢᠯ ᠳᠤ ᠤᠬᠤᠨ᠎ᠠ ᠶᠢ ᠨᠢᠲᠤᠯᠵᠤ᠂ ᠴᠢᠰᠤ ᠶᠢ ᠨᠢ ᠬᠥᠰᠢᠭᠡᠨ ᠦ ᠳᠣᠲᠣᠷ᠎ᠠ ᠠᠪᠴᠢᠷᠠᠭᠠᠳ᠂ ᠪᠤᠬ᠎ᠠ ᠶᠢᠨ ᠴᠢᠰᠤ ᠶᠢ ᠰᠠᠴᠤᠭᠰᠠᠨ ᠲᠠᠢ ᠠᠳᠠᠯᠢ ᠪᠠᠷ ᠮᠥᠨ ᠲᠡᠭᠡᠵᠦ ᠦᠢᠯᠡᠳᠦᠨ ᠬᠡᠯᠲᠦᠷᠢᠭᠦᠯᠭᠡ ᠶᠢᠨ ᠬᠠᠪᠬᠠᠭ ᠳᠡᠭᠡᠭᠦᠷ᠂ ᠪᠠᠰᠠ ᠬᠡᠯᠲᠦᠷᠢᠭᠦᠯᠭᠡ ᠶᠢᠨ ᠬᠠᠪᠬᠠᠭ ᠤᠨ ᠡᠮᠦᠨ᠎ᠡ ᠰᠠᠴᠤᠨ᠎ᠠ᠃ 16 ᠡᠢᠨ ᠬᠦ ᠠᠷᠢᠭᠤᠨ ᠭᠠᠵᠠᠷ ᠤᠨ ᠲᠥᠯᠥᠭᠡ ᠢᠰᠷᠧᠯᠴᠦᠳ ᠦᠨ ᠪᠤᠵᠠᠷᠲᠤᠯ᠂ ᠲᠡᠳᠡᠨ ᠦ ᠲᠡᠷᠰᠯᠡᠯ᠂ ᠬᠠᠮᠤᠭ ᠨᠢᠭᠦᠯ ᠦᠨ ᠬᠢᠨᠢ ᠬᠡᠯᠲᠦᠷᠢᠭᠦᠯᠦᠯᠭᠡ ᠶᠢ ᠬᠢᠨ᠎ᠡ᠃ ᠲᠡᠭᠦᠨᠴᠢᠯᠡᠨ ᠥᠪᠡᠷᠰᠡᠳ ᠦᠨ ᠬᠢᠨᠢ ᠪᠤᠵᠠᠷᠲᠤᠯ ᠤᠨ ᠳᠤᠮᠳᠠ ᠥᠪᠡᠷᠰᠡᠳ ᠲᠡᠢ ᠨᠢ ᠬᠠᠮᠲᠤ ᠣᠷᠣᠰᠢᠬᠤ ᠠᠭᠤᠯᠵᠠᠯᠲᠠ ᠶᠢᠨ ᠴᠠᠴᠠᠷ ᠤᠨ ᠲᠥᠯᠥᠭᠡ ᠴᠤ ᠬᠡᠯᠲᠦᠷᠢᠭᠦᠯᠦᠯᠭᠡ ᠶᠢ ᠬᠢᠨ᠎ᠡ᠃ 17 ᠠᠷᠣᠨ ᠬᠡᠯᠲᠦᠷᠢᠭᠦᠯᠦᠯᠭᠡ ᠶᠢ ᠬᠢᠬᠦ ᠪᠡᠷ ᠠᠷᠢᠭᠤᠨ ᠠᠴᠠ ᠠᠷᠢᠭᠤᠨ ᠭᠠᠵᠠᠷ ᠲᠤ ᠣᠷᠣᠭᠠᠳ ᠥᠪᠡᠷ ᠦᠨ ᠢᠶᠠᠨ ᠲᠥᠯᠥᠭᠡ᠂ ᠭᠡᠷ ᠦᠨ ᠬᠢᠨ ᠤ ᠪᠠᠨ ᠲᠥᠯᠥᠭᠡ᠂ ᠮᠥᠨ ᠢᠰᠷᠧᠯ ᠤᠨ ᠪᠦᠬᠦ ᠴᠢᠭᠤᠯᠭᠠᠨ ᠤ ᠲᠥᠯᠥᠭᠡ ᠭᠡᠮ ᠦᠨ ᠬᠡᠯᠲᠦᠷᠢᠭᠦᠯᠦᠯᠭᠡ ᠶᠢ ᠭᠦᠢᠴᠡᠭᠡᠭᠰᠡᠨ ᠦ ᠳᠠᠷᠠᠭ᠎ᠠ᠂ ᠲᠡᠨᠳᠡ ᠡᠴᠡ ᠭᠠᠷᠬᠤ ᠬᠦᠷᠲᠡᠯ᠎ᠡ ᠬᠡᠨ ᠴᠤ ᠠᠭᠤᠯᠵᠠᠯᠲᠠ ᠶᠢᠨ ᠴᠠᠴᠠᠷ ᠲᠤ ᠪᠠᠢᠵᠤ ᠦᠯᠦ ᠪᠣᠯᠣᠨ᠎ᠠ᠃ 18 ᠲᠡᠭᠡᠭᠡᠳ ᠠᠷᠣᠨ ᠶᠣᠬᠣᠸᠠ ᠶᠢᠨ ᠡᠮᠦᠨ᠎ᠡ ᠪᠠᠢᠭ᠎ᠠ ᠲᠠᠬᠢᠯ ᠤᠨ ᠰᠢᠷᠡᠭᠡ ᠤᠷᠤᠭᠤ ᠢᠷᠡᠵᠦ᠂ ᠰᠢᠷᠡᠭᠡᠨ ᠦ ᠲᠥᠯᠥᠭᠡ ᠬᠡᠯᠲᠦᠷᠢᠭᠦᠯᠦᠯᠭᠡ ᠶᠢ ᠬᠢᠨ᠎ᠡ᠂ ᠲᠤᠬᠠᠢᠯᠠᠪᠠᠯ ᠪᠤᠬ᠎ᠠ ᠪᠣᠯᠣᠨ ᠤᠬᠤᠨ᠎ᠠ ᠶᠢᠨ ᠴᠢᠰᠤᠨ ᠠᠴᠠ ᠠᠪᠴᠤ᠂ ᠲᠠᠬᠢᠯ ᠤᠨ ᠰᠢᠷᠡᠭᠡᠨ ᠦ ᠡᠪᠡᠷ ᠤᠳ ᠳᠡᠭᠡᠷ᠎ᠡ ᠲᠣᠭᠣᠷᠢᠭᠤᠯᠤᠨ ᠨᠢᠯᠠᠭᠠᠳ 19 ᠬᠤᠷᠤᠭᠤ ᠪᠠᠷ ᠢᠶᠠᠨ ᠴᠢᠰᠤ ᠶᠢ ᠰᠢᠷᠡᠭᠡᠨ ᠳᠡᠭᠡᠷ᠎ᠡ ᠳᠣᠯᠣᠭᠠᠨ ᠤᠳᠠᠭ᠎ᠠ ᠰᠠᠴᠤᠨ᠂ ᠲᠡᠭᠦᠨ ᠢ ᠴᠡᠪᠡᠷᠰᠢᠭᠦᠯᠵᠦ᠂ ᠢᠰᠷᠧᠯᠴᠦᠳ ᠢ ᠪᠤᠵᠠᠷᠲᠤᠯ ᠠᠴᠠ ᠠᠷᠢᠭᠤᠳᠬᠠᠨ᠎ᠠ᠃
20 ᠲᠡᠢᠨ ᠬᠦ ᠠᠷᠢᠭᠤᠨ ᠠᠴᠠ ᠠᠷᠢᠭᠤᠨ ᠭᠠᠵᠠᠷ᠂ ᠠᠭᠤᠯᠵᠠᠯᠲᠠ ᠶᠢᠨ ᠴᠠᠴᠠᠷ᠂ ᠲᠠᠬᠢᠯ ᠤᠨ ᠰᠢᠷᠡᠭᠡᠨ ᠦ ᠬᠡᠯᠲᠦᠷᠢᠭᠦᠯᠦᠯᠭᠡ ᠶᠢ ᠬᠢᠵᠦ ᠳᠠᠭᠤᠰᠬᠠᠭᠠᠳ᠂ ᠠᠮᠢᠳᠤ ᠤᠬᠤᠨ᠎ᠠ ᠶᠢ ᠠᠪᠴᠢᠷᠠᠨ᠎ᠠ᠃ 21 ᠠᠷᠣᠨ ᠠᠮᠢᠳᠤ ᠤᠬᠤᠨ᠎ᠠ ᠶᠢᠨ ᠲᠣᠯᠣᠭᠠᠢ ᠳᠡᠭᠡᠷ᠎ᠡ ᠬᠣᠶᠠᠷ ᠭᠠᠷ ᠢᠶᠠᠨ ᠲᠠᠯᠪᠢᠵᠤ᠂ ᠢᠰᠷᠧᠯᠴᠦᠳ ᠦᠨ ᠬᠠᠮᠤᠭ ᠭᠡᠮ ᠪᠤᠷᠤᠭᠤ᠂ ᠲᠡᠳᠡᠨ ᠦ ᠬᠠᠮᠤᠭ ᠲᠡᠷᠰᠯᠡᠯ ᠪᠣᠯᠣᠨ ᠬᠠᠮᠤᠭ ᠨᠢᠭᠦᠯ ᠢ ᠮᠡᠳᠡᠭᠦᠯᠵᠦ᠂ ᠲᠡᠳᠡᠭᠡᠷ ᠢ ᠤᠬᠤᠨ᠎ᠠ ᠶᠢᠨ ᠲᠣᠯᠣᠭᠠᠢ ᠳᠡᠭᠡᠷ᠎ᠡ ᠲᠣᠬᠣᠭᠠᠳ ᠲᠣᠮᠢᠯᠠᠭᠳᠠᠭᠰᠠᠨ ᠬᠥᠮᠦᠨ ᠦ ᠭᠠᠷ ᠢᠶᠠᠷ ᠴᠥᠯ ᠤᠷᠤᠭᠤ ᠶᠠᠪᠤᠭᠤᠯᠤᠨ᠎ᠠ᠃ 22 ᠲᠡᠷᠡ ᠤᠬᠤᠨ᠎ᠠ ᠬᠠᠮᠤᠭ ᠭᠡᠮ ᠪᠤᠷᠤᠭᠤ ᠶᠢ ᠨᠢ ᠥᠪᠡᠷ ᠳᠡᠭᠡᠷ᠎ᠡ ᠪᠡᠨ ᠡᠭᠦᠷᠦᠨ ᠡᠵᠡᠭᠦᠢ ᠭᠠᠵᠠᠷ ᠤᠷᠤᠭᠤ ᠶᠠᠪᠤᠨ᠎ᠠ᠃ ᠲᠡᠭᠦᠨ ᠢ ᠴᠥᠯ ᠳᠤ ᠰᠤᠯᠠᠯᠠᠵᠤ ᠲᠠᠯᠪᠢᠬᠤ ᠶᠣᠰᠣᠲᠠᠢ᠃
23 ᠡᠭᠦᠨ ᠦ ᠳᠠᠷᠠᠭ᠎ᠠ ᠠᠷᠣᠨ ᠠᠭᠤᠯᠵᠠᠯᠲᠠ ᠶᠢᠨ ᠴᠠᠴᠠᠷ ᠲᠤ ᠣᠷᠣᠬᠤ ᠪᠣᠯᠣᠨ᠎ᠠ᠂ ᠠᠷᠢᠭᠤᠨ ᠠᠴᠠ ᠠᠷᠢᠭᠤᠨ ᠭᠠᠵᠠᠷ ᠤᠷᠤᠭᠤ ᠣᠷᠣᠬᠤ ᠳᠠᠭᠠᠨ ᠡᠮᠦᠰᠦᠭᠰᠡᠨ ᠮᠠᠭᠠᠯᠢᠩ᠋ᠭᠤᠨ ᠬᠤᠪᠴᠠᠰᠤ ᠪᠠᠨ ᠲᠠᠢᠯᠤᠨ ᠲᠡᠨᠳᠡ ᠣᠷᠬᠢᠬᠤ ᠪᠥᠭᠡᠳ 24 ᠠᠷᠢᠭᠤᠨ ᠭᠠᠵᠠᠷ ᠤᠨ ᠬᠠᠰᠢᠶᠠᠨ ᠳᠤ ᠪᠡᠶ᠎ᠡ ᠪᠡᠨ ᠤᠰᠤᠨ ᠳᠤ ᠤᠬᠢᠶᠠᠵᠤ᠂ ᠬᠤᠪᠴᠠᠰᠤ ᠪᠠᠨ ᠡᠮᠦᠰᠦᠨ ᠭᠠᠷᠴᠤ ᠢᠷᠡᠭᠡᠳ ᠥᠪᠡᠷ ᠦᠨ ᠢᠶᠠᠨ ᠲᠥᠯᠥᠭᠡ ᠰᠢᠲᠠᠭᠠᠯᠭᠠᠲᠤ ᠲᠠᠬᠢᠯ᠂ ᠮᠥᠨ ᠠᠷᠠᠳ ᠲᠦᠮᠡᠨ ᠦ ᠲᠥᠯᠥᠭᠡ ᠰᠢᠲᠠᠭᠠᠯᠭᠠᠲᠤ ᠲᠠᠬᠢᠯ ᠡᠷᠭᠦᠵᠦ᠂ ᠥᠪᠡᠷ ᠦᠨ ᠢᠶᠠᠨ ᠪᠣᠯᠣᠨ ᠠᠷᠠᠳ ᠲᠦᠮᠡᠨ ᠦ ᠭᠡᠮ ᠦᠨ ᠬᠡᠯᠲᠦᠷᠢᠭᠦᠯᠦᠯᠭᠡ ᠶᠢ ᠬᠢᠨ᠎ᠡ᠃ 25 ᠨᠢᠭᠦᠯ ᠦᠨ ᠲᠠᠬᠢᠯ ᠤᠨ ᠥᠭᠡᠬᠦ ᠶᠢ ᠲᠠᠬᠢᠯ ᠤᠨ ᠰᠢᠷᠡᠭᠡᠨ ᠳᠡᠭᠡᠷ᠎ᠡ ᠰᠢᠲᠠᠭᠠᠬᠤ ᠶᠣᠰᠣᠲᠠᠢ᠃ 26 ᠨᠢᠭᠦᠯ ᠡᠭᠦᠷᠦᠭᠴᠢ ᠤᠬᠤᠨ᠎ᠠ ᠶᠢ ᠰᠤᠯᠠᠯᠠᠵᠤ ᠲᠠᠯᠪᠢᠭᠰᠠᠨ ᠬᠥᠮᠦᠨ ᠴᠤ ᠬᠤᠪᠴᠠᠰᠤ ᠪᠠᠨ ᠤᠬᠢᠶᠠᠵᠤ᠂ ᠤᠰᠤᠨ ᠳᠤ ᠪᠡᠶ᠎ᠡ ᠪᠡᠨ ᠤᠬᠢᠶᠠᠬᠤ ᠶᠣᠰᠣᠲᠠᠢ᠃ ᠡᠭᠦᠨ ᠦ ᠳᠠᠷᠠᠭ᠎ᠠ ᠯᠠ ᠬᠤᠸᠠᠷᠠᠨ ᠳᠤ ᠣᠷᠣᠵᠤ ᠪᠣᠯᠣᠨ᠎ᠠ᠃ 27 ᠬᠠᠷᠢᠨ ᠨᠢᠭᠦᠯ ᠦᠨ ᠲᠠᠬᠢᠯ ᠪᠣᠯᠣᠭᠰᠠᠨ ᠪᠤᠬ᠎ᠠ ᠪᠣᠯᠣᠨ ᠤᠬᠤᠨ᠎ᠠ ᠶᠢᠨ ᠬᠤᠪᠢ ᠳᠤ᠂ ᠴᠢᠰᠤ ᠶᠢ ᠨᠢ ᠭᠡᠮ ᠦᠨ ᠬᠡᠯᠲᠦᠷᠢᠭᠦᠯᠦᠯᠭᠡ ᠶᠢ ᠬᠢᠬᠦ ᠪᠡᠷ ᠠᠷᠢᠭᠤᠨ ᠠᠴᠠ ᠠᠷᠢᠭᠤᠨ ᠭᠠᠵᠠᠷ ᠲᠤ ᠣᠷᠣᠭᠤᠯᠤᠭᠰᠠᠨ ᠲᠤᠯᠠ ᠪᠤᠰᠤᠳ ᠬᠡᠰᠡᠭ ᠢ ᠨᠢ ᠬᠤᠸᠠᠷᠠᠨ ᠤ ᠭᠠᠳᠠᠨ᠎ᠠ ᠭᠠᠷᠭᠠᠵᠤ᠂ ᠠᠷᠠᠰᠤ᠂ ᠮᠢᠬ᠎ᠠ᠂ ᠰᠡᠪᠡᠰᠦ ᠶᠢ ᠨᠢ ᠭᠠᠯ ᠳᠤ ᠰᠢᠲᠠᠭ᠎ᠠ᠃ 28 ᠡᠳᠡᠭᠡᠷ ᠢ ᠰᠢᠲᠠᠭᠠᠭᠰᠠᠨ ᠬᠥᠮᠦᠨ ᠬᠤᠪᠴᠠᠰᠤ ᠪᠠᠨ ᠤᠬᠢᠶᠠᠵᠤ᠂ ᠪᠡᠶ᠎ᠡ ᠪᠡᠨ ᠤᠰᠤᠨ ᠳᠤ ᠤᠬᠢᠶᠠᠬᠤ ᠶᠣᠰᠣᠲᠠᠢ᠃ ᠡᠭᠦᠨ ᠦ ᠳᠠᠷᠠᠭ᠎ᠠ ᠯᠠ ᠬᠤᠸᠠᠷᠠᠨ ᠳᠤ ᠣᠷᠣᠵᠤ ᠪᠣᠯᠣᠨ᠎ᠠ᠃
29 ᠳᠣᠯᠣᠳᠤᠭᠠᠷ ᠰᠠᠷ᠎ᠠ ᠶᠢᠨ ᠠᠷᠪᠠᠨ ᠳᠤ ᠤᠤᠭᠠᠯ ᠲᠠ ᠨᠠᠷ ᠴᠤ᠂ ᠲᠠ ᠨᠠᠷ ᠤᠨ ᠳᠤᠮᠳᠠ ᠰᠠᠭᠤᠵᠤ ᠪᠤᠢ ᠬᠠᠷᠢ ᠶᠢᠨ ᠬᠢᠨ ᠴᠤ ᠥᠪᠡᠷ ᠢ ᠪᠠᠨ ᠲᠡᠪᠴᠢᠨ 9 ᠂ ᠶᠠᠮᠠᠷ ᠴᠤ ᠠᠵᠢᠯ ᠪᠦᠦ ᠬᠢ᠃ ᠡᠨᠡ ᠨᠢ ᠲᠠ ᠨᠠᠷ ᠤᠨ ᠪᠠᠢᠩ᠋ᠭᠤ ᠶᠢᠨ ᠶᠣᠰᠣ ᠵᠢᠷᠤᠮ ᠪᠣᠯᠣᠨ᠎ᠠ᠃ 30 ᠤᠴᠢᠷ ᠨᠢ ᠡᠨᠡ ᠡᠳᠦᠷ ᠲᠠᠬᠢᠯᠴᠢ ᠲᠠ ᠨᠠᠷ ᠤᠨ ᠲᠥᠯᠥᠭᠡ ᠭᠡᠮ ᠦᠨ ᠬᠡᠯᠲᠦᠷᠢᠭᠦᠯᠦᠯᠭᠡ ᠶᠢ ᠬᠢᠵᠦ ᠲᠠ ᠨᠠᠷ ᠢ ᠴᠡᠪᠡᠷᠰᠢᠭᠦᠯᠦᠨ᠎ᠡ᠃ ᠲᠠ ᠨᠠᠷ ᠶᠣᠬᠣᠸᠠ ᠶᠢᠨ ᠡᠮᠦᠨ᠎ᠡ ᠬᠠᠮᠤᠭ ᠨᠢᠭᠦᠯ ᠡᠴᠡ ᠪᠡᠨ ᠴᠡᠪᠡᠷᠰᠢᠬᠦ ᠪᠣᠯᠣᠨ᠎ᠠ᠃ 31 ᠡᠨᠡ ᠨᠢ ᠲᠠ ᠨᠠᠷ ᠤᠨ ᠲᠡᠭᠦᠰ ᠠᠮᠠᠷᠠᠯ ᠤᠨ ᠡᠳᠦᠷ ᠪᠣᠯᠬᠣᠷ ᠥᠪᠡᠷ ᠢ ᠪᠠᠨ ᠲᠡᠪᠴᠢᠬᠦ ᠶᠣᠰᠣᠲᠠᠢ᠂ ᠡᠨᠡ ᠨᠢ ᠪᠠᠢᠩ᠋ᠭᠤ ᠶᠢᠨ ᠵᠢᠷᠤᠮ ᠪᠣᠯᠣᠨ᠎ᠠ᠃ 32 ᠭᠡᠮ ᠦᠨ ᠬᠡᠯᠲᠦᠷᠢᠭᠦᠯᠦᠯᠭᠡ ᠶᠢ ᠬᠢᠭ᠍ᠴᠢ ᠨᠢ ᠡᠴᠢᠭᠡ ᠪᠡᠨ ᠵᠠᠯᠭᠠᠮᠵᠢᠯᠠᠨ ᠲᠠᠬᠢᠯᠴᠢ ᠶᠢᠨ ᠠᠯᠪᠠᠨ ᠳᠤ ᠦᠢᠯᠡᠴᠢᠯᠡᠬᠦ ᠪᠡᠷ ᠲᠣᠰᠣᠯᠠᠭᠳᠠᠵᠤ ᠲᠣᠮᠢᠯᠠᠭᠳᠠᠭᠰᠠᠨ ᠲᠠᠬᠢᠯᠴᠢ ᠶᠤᠮ᠃ ᠲᠡᠷᠡ ᠮᠠᠭᠠᠯᠢᠩ᠋ᠭᠤ ᠪᠠᠷ ᠬᠢᠭᠰᠡᠨ ᠠᠷᠢᠭᠤᠨ ᠬᠤᠪᠴᠠᠰᠤ ᠡᠮᠦᠰᠦᠭᠡᠳ᠂ 33 ᠠᠷᠢᠭᠤᠨ ᠠᠴᠠ ᠠᠷᠢᠭᠤᠨ ᠭᠠᠵᠠᠷ ᠤᠨ ᠲᠥᠯᠥᠭᠡ᠂ ᠮᠥᠨ ᠠᠭᠤᠯᠵᠠᠯᠲᠠ ᠶᠢᠨ ᠴᠠᠴᠠᠷ ᠪᠣᠯᠣᠨ ᠲᠠᠬᠢᠯ ᠤᠨ ᠰᠢᠷᠡᠭᠡᠨ ᠦ ᠲᠥᠯᠥᠭᠡ᠂ ᠪᠠᠰᠠ ᠲᠠᠬᠢᠯᠴᠢᠳ ᠪᠣᠯᠣᠨ ᠴᠢᠭᠤᠯᠭᠠᠨ ᠤ ᠪᠦᠬᠦ ᠠᠷᠠᠳ ᠣᠯᠠᠨ ᠤ ᠲᠥᠯᠥᠭᠡ ᠬᠡᠯᠲᠦᠷᠢᠭᠦᠯᠦᠯᠭᠡ ᠶᠢ ᠬᠢᠨ᠎ᠡ᠃ 34 ᠢᠰᠷᠧᠯᠴᠦᠳ ᠦᠨ ᠬᠠᠮᠤᠭ ᠨᠢᠭᠦᠯ ᠦᠨ ᠬᠡᠯᠲᠦᠷᠢᠭᠦᠯᠦᠯᠭᠡ ᠶᠢ ᠵᠢᠯ ᠪᠦᠷᠢ ᠭᠠᠭᠴᠠ ᠤᠳᠠᠭ᠎ᠠ ᠬᠢᠬᠦ ᠶᠣᠰᠣᠲᠠᠢ᠂ ᠡᠨᠡ ᠨᠢ ᠲᠠ ᠨᠠᠷ ᠤᠨ ᠪᠠᠢᠩ᠋ᠭᠤ ᠶᠢᠨ ᠶᠣᠰᠣ ᠵᠢᠷᠤᠮ ᠪᠣᠯᠣᠨ᠎ᠠ》 ᠭᠡᠪᠡ᠃ ᠮᠣᠰᠧ ᠶᠠᠭ ᠶᠣᠬᠣᠸᠠ ᠶᠢᠨ ᠥᠪᠡᠷ ᠲᠤᠨᠢ ᠲᠤᠰᠢᠶᠠᠭᠰᠠᠨ ᠲᠡᠷᠡ ᠶᠣᠰᠣᠭᠠᠷ ᠭᠦᠢᠴᠡᠳᠬᠡᠪᠡ᠃